ᠮᠣᠩᠭᠣᠯ

ᠬᠢᠲᠠᠳ ᠤ᠋ᠨ ᠺᠣᠯᠣᠨᠢᠴᠢᠯᠠᠯ ᠥᠪᠦᠷ ᠮᠣᠩᠭᠤᠯ ᠳ᠋ᠤ᠌

1. ᠬᠢᠲᠠᠳ ᠥᠪᠦᠷ ᠮᠣᠩᠭᠤᠯ ᠢ᠋ ᠡᠵᠡᠯᠡᠬᠦ ᠡᠴᠡ ᠡᠮᠦᠨ᠎ᠡ᠂ ᠮᠣᠩᠭᠤᠯ ᠣᠷᠤᠨ ᠤ᠋ ᠪᠠᠢᠭᠠᠯᠢ ᠳᠡᠯᠡᠬᠡᠢ ᠣᠩᠭᠤᠨ ᠲᠠᠷᠬᠠᠨ ᠢ᠋ᠶ᠋ᠠᠷ ᠢ᠋ᠶ᠋ᠠᠨ ᠭᠤᠸ᠎ᠠ ᠦᠵᠡᠰᠭᠦᠯᠡᠩ ᠲᠡᠢ ᠪᠠᠢᠵᠤ᠂ ᠬᠥᠮᠦᠨ ᠠᠷᠠᠳ ᠨᠢ ᠠᠭᠤᠤ ᠶᠡᠬᠡ ᠨᠡᠭᠦᠳᠡᠯ ᠰᠣᠶᠤᠯ ᠤ᠋ᠨ ᠠᠮᠠ ᠪᠠᠷ ᠤᠯᠠᠮᠵᠢᠯᠠᠳᠠᠭ ᠰᠤᠷᠭᠠᠯ ᠢ᠋ᠶ᠋ᠠᠷ ᠢ᠋ᠶ᠋ᠠᠨ ᠥᠰᠴᠦ ᠬᠥᠮᠦᠵᠢᠵᠦ᠂ ᠨᠤᠲᠤᠭ ᠤᠰᠤᠨ ᠤ᠋ ᠤᠬᠠᠭᠠᠨ ᠲᠠᠢ ᠴᠢᠳᠠᠪᠤᠷᠢ ᠲᠠᠢ ᠪᠠᠶᠠᠳ ᠨᠣᠶᠠᠳ ᠨᠢ ᠦᠨᠳᠦᠰᠦ ᠤᠭᠰᠠᠭ᠎ᠠ ᠪᠠᠨ ᠳᠠᠭᠠᠭᠤᠯᠤᠨ ᠠᠮᠢᠳᠤᠷᠠᠭᠰᠠᠨ ᠡᠶ᠎ᠡ ᠨᠠᠢᠷᠲᠠᠢ ᠬᠡᠪ ᠦ᠋ᠨ ᠰᠠᠢᠬᠠᠨ ᠨᠡᠢᠭᠡᠮ ᠦ᠋ᠨ ᠪᠦᠲᠦᠴᠡ ᠲᠡᠢ ᠪᠠᠢᠪᠠ᠃ ᠬᠢᠲᠠᠳ ᠤ᠋ᠨ ᠺᠣᠮᠮᠤᠨᠢᠰᠲ ᠨᠠᠮ ᠣᠷᠤᠵᠤ ᠢᠷᠡᠭᠰᠡᠨ ᠦ᠌ ᠳᠠᠷᠠᠭ᠎ᠠ ᠂ ᠭᠠᠵᠢᠭ ᠪᠤᠷᠤᠭᠤ ᠪᠦᠬᠦ ᠵᠦᠢᠯ ᠢ᠋ ᠠᠪᠴᠢᠷᠠᠨ᠂ ᠦᠨᠳᠦᠰᠦᠲᠡᠨ ᠦ᠌ ᠦᠨᠡᠲᠦ ᠵᠦᠢᠯ ᠦ᠋ᠳ ᠢ᠋ ᠤᠰᠠᠳᠭᠠᠬᠤ ᠪᠠᠷ ᠣᠷᠤᠯᠳᠤᠵᠤ ᠡᠳᠦᠢ ᠬᠦᠷᠪᠡ᠃ 1935 ᠣᠨ ᠳ᠋ᠤ᠌ ᠮᠠᠣ ᠽᠧ ᠳ᠋ᠦᠩ᠂ ᠢᠷᠡᠭᠡᠳᠦᠢ ᠳ᠋ᠦ᠍ ᠡᠪ ᠬᠠᠮᠲᠤ ᠨᠠᠮ ᠤᠯᠤᠰ ᠪᠠᠢᠭᠤᠯᠬᠤ ᠳ᠋ᠤ᠌ ᠬᠦᠷᠪᠡᠯ᠂ ᠥᠪᠦᠷ ᠮᠣᠩᠭᠤᠯ ᠲᠤᠰᠠᠭᠠᠷ ᠤᠯᠤᠰ ᠪᠣᠯᠬᠤ ᠪᠠᠨ ᠥᠪᠡᠷ ᠦ᠋ᠨ ᠬᠦᠰᠡᠯ ᠢ᠋ᠶ᠋ᠡᠷ ᠰᠣᠩᠭᠤᠵᠤ ᠪᠣᠯᠤᠨ᠎ᠠ ᠬᠡᠮᠡᠨ ᠵᠠᠷᠯᠠᠵᠤ ᠪᠠᠢᠪᠠ᠃

2. ᠬᠢᠲᠠᠳ ᠤ᠋ᠨ ᠡᠪ ᠬᠠᠮᠲᠤ ᠨᠠᠮ ᠥᠪᠦᠷ ᠮᠣᠩᠭᠤᠯ ᠢ᠋ ᠡᠵᠡᠯᠡᠭᠰᠡᠨ 74 ᠵᠢᠯ  ᠤ᠋ᠨ ᠲᠤᠷᠰᠢ᠂ ᠠᠩᠬᠠᠨ ᠠ᠋ᠴᠠ ᠪᠠᠨ ᠪᠡᠯᠡᠳᠭᠡᠵᠦ ᠲᠥᠯᠦᠪᠯᠡᠭᠰᠡᠨ ᠶᠣᠰᠤᠭᠠᠷ᠂ ᠠᠯᠬᠤᠮ ᠲᠠᠷᠠᠭ᠎ᠠ ᠲᠠᠢ ᠪᠠᠷ᠂ ᠮᠣᠩᠭᠤᠯ ᠬᠥᠮᠦᠨ ᠦ᠌ ᠰᠤᠷ ᠰᠣᠳᠤᠴᠤᠤᠯ ᠢ᠋ ᠬᠢᠳᠤᠨ ᠬᠢᠷᠭᠠᠵᠤ᠂ ᠮᠣᠩᠭᠤᠯ ᠬᠥᠮᠦᠨ ᠦ᠌ ᠡᠷᠬᠡ ᠮᠡᠳᠡᠯ ᠡᠷᠬᠡ ᠴᠢᠯᠦᠭᠡ ᠶ᠋ᠢ ᠪᠤᠯᠢᠶᠠᠨ ᠠᠪᠴᠤ᠂ ᠭᠠᠵᠠᠷ ᠳᠡᠭᠡᠷᠡᠬᠢ ᠭᠠᠵᠠᠷ ᠳᠣᠣᠷᠠᠬᠢ ᠪᠦᠬᠦ ᠪᠠᠶᠠᠯᠢᠭ ᠢ᠋ ᠴᠥᠯᠪᠡᠨ ᠰᠣᠷᠤᠵᠤ᠂ ᠦᠭᠡ ᠬᠡᠯᠡ ᠦᠰᠦᠭ ᠪᠢᠴᠢᠭ ᠢ ᠨᠢ ᠰᠣᠶᠤᠯ ᠲᠡᠦᠬᠡ ᠶ᠋ᠢ ᠨᠢ ᠠᠷᠴᠢᠵᠤ ᠤᠰᠠᠳᠭᠠᠨ᠂ ᠬᠣᠷᠢᠵᠤ ᠬᠠᠰᠢᠨ᠂ ᠳᠠᠷᠤᠯᠠᠯ ᠳᠣᠷᠤᠮᠵᠢᠯᠠᠯ ᠢ᠋ ᠲᠤᠯᠲᠠᠯ᠎ᠠ ᠶᠠᠪᠤᠭᠤᠯᠵᠠᠢ᠃

3. ᠣᠢᠷᠠᠬᠠᠨ ᠪᠣᠯᠤᠭᠰᠠᠨ ᠨᠢᠭᠡᠨ ᠲᠣᠳᠤ ᠵᠢᠱᠢᠶ᠎ᠡ ᠭᠡᠪᠡᠯ᠄ ᠬᠢᠲᠠᠳ ᠤ᠋ᠨ ᠵᠠᠰᠠᠭ ᠥᠪᠡᠷ ᠦ᠋ᠨ ᠦᠨᠳᠦᠰᠦᠨ ᠬᠠᠤᠯᠢ ᠠ᠋ᠴᠠ ᠪᠠᠨ ᠵᠥᠷᠢᠴᠡᠵᠦ᠂ 2020 ᠣᠨ ᠠ᠋ᠴᠠ ᠡᠬᠢᠯᠡᠨ ᠮᠣᠩᠭᠤᠯ ᠬᠥᠮᠦᠨ ᠦ᠌ ᠥᠪᠡᠷ ᠦ᠋ᠨ ᠡᠬᠡ ᠬᠡᠯᠡ ᠦᠰᠦᠭ ᠪᠢᠴᠢᠭ  ᠢ᠋ᠶ᠋ᠠᠨ ᠰᠤᠷᠴᠤ ᠡᠵᠡᠮᠰᠢᠬᠦ ᠡᠷᠬᠡ ᠶ᠋ᠢ ᠬᠢᠵᠠᠭᠠᠷᠯᠠᠨ᠂ ᠡᠰᠡᠷᠭᠦᠴᠡᠭᠰᠡᠨ ᠬᠥᠮᠦᠰ ᠢ᠋ ᠬᠡᠳᠦᠨ ᠮᠢᠩᠭ᠎ᠠ ᠪᠠᠷ ᠱᠣᠷᠤᠩ ᠳ᠋ᠤ᠌ ᠬᠢᠵᠦ᠂ ᠶᠢᠰᠦᠨ ᠥᠪᠦᠷ ᠮᠣᠩᠭᠤᠯ ᠬᠥᠮᠦᠨ ᠡᠬᠡ ᠬᠡᠯᠡᠨ ᠦ᠌ ᠪᠡᠨ ᠲᠥᠯᠦᠭᠡ ᠠᠮᠢ ᠨᠠᠰᠤ ᠪᠠᠨ ᠠᠯᠳᠠᠵᠤ᠂ ᠣᠳᠤ ᠮᠣᠩᠭᠤᠯ ᠬᠡᠦᠬᠡᠳ ᠦ᠋ᠳ ᠲᠦ᠍ ᠠᠯᠪᠠᠳᠠᠯᠭ᠎ᠠ ᠪᠠᠷ ᠬᠢᠲᠠᠳ ᠬᠡᠯᠡ ᠪᠡᠷ ᠰᠤᠷᠭᠠᠨ ᠬᠥᠮᠦᠵᠢᠯ ᠬᠦᠷᠲᠡᠭᠡᠨ᠂ ᠦᠨᠳᠦᠰᠦᠲᠡᠨ ᠢ᠋ ᠤᠰᠠᠳᠭᠠᠬᠤ ᠲᠥᠷᠦ ᠶ᠋ᠢᠨ ᠪᠣᠳᠤᠯᠭ᠎ᠠ ᠶᠠᠪᠤᠭᠤᠯᠵᠤ᠂ ᠬᠥᠮᠦᠨ ᠲᠥᠷᠦᠯᠬᠢᠲᠡᠨ ᠦ᠌ ᠡᠰᠡᠷᠭᠦ ᠭᠡᠮᠲᠦ ᠬᠡᠷᠡᠭ ᠦᠢᠯᠡᠳᠴᠦ ᠪᠣᠢ᠃

4. ᠬᠢᠲᠠᠳ ᠪᠠ ᠣᠯᠠᠨ ᠤᠯᠤᠰ ᠤ᠋ᠨ ᠬᠠᠷᠢᠴᠠᠭ᠎ᠠ᠃

ᠬᠢᠲᠠᠳ ᠤ᠋ᠨ ᠵᠠᠰᠠᠭ ᠳᠣᠲᠤᠭᠠᠳᠤ ᠳ᠋ᠠᠭᠠᠨ ᠠᠷᠠᠳ ᠲᠦᠮᠡᠨ ᠢ᠋ᠶ᠋ᠡᠨ ᠲᠠᠢᠰᠠᠨ ᠢ᠋ᠶ᠋ᠠᠷ ᠦᠵᠡᠨ᠂ ᠬᠢᠨᠠᠨ ᠮᠥᠷᠳᠡᠵᠦ᠂ ᠪᠣᠰᠤᠭᠰᠠᠨ ᠡᠰᠡᠷᠭᠦᠴᠡᠯ ᠢ᠋ ᠨᠢ ᠨᠤᠬᠤᠴᠢᠨ ᠳᠠᠷᠤᠵᠤ᠂ ᠦᠨᠳᠦᠰᠦᠲᠡᠨ ᠦ᠌ ᠴᠥᠭᠡᠩᠬᠢ ᠶ᠋ᠢᠨ ᠪᠦᠬᠦ ᠪᠠᠶᠠᠯᠢᠭ ᠢ᠋ ᠪᠤᠯᠢᠶᠠᠨ ᠳᠡᠭᠡᠷᠡᠮᠳᠡᠵᠦ ᠦᠨᠳᠦᠰᠦ ᠤᠭᠰᠠᠭ᠎ᠠ ᠪᠠᠷ ᠨᠢ ᠬᠠᠢᠯᠠᠭᠤᠯᠤᠨ ᠤᠰᠠᠳᠭᠠᠵᠤ᠂ ᠬᠡᠷᠡᠭᠵᠢᠭᠦᠯᠵᠦ ᠪᠠᠢᠭ᠎ᠠ ᠪᠦᠬᠦ ᠪᠣᠳᠤᠯᠭ᠎ᠠ ᠨᠢ ᠠᠷᠠᠳᠴᠢᠯᠠᠯ ᠡᠷᠬᠡ ᠴᠢᠯᠦᠭᠡᠨ ᠦ᠌ ᠡᠰᠡᠷᠭᠦ ᠪᠠᠢᠵᠤ᠂ ᠲᠡᠷᠡ ᠴᠢᠭ  ᠢ᠋ᠶ᠋ᠡᠷ ᠢ᠋ᠶ᠋ᠡᠨ ᠳᠣᠷᠤᠨᠠᠳᠠᠬᠢᠨ ᠳ᠋ᠠᠬᠢ ᠲᠣᠮᠤ ᠱᠣᠷᠤᠩ ᠪᠣᠯᠵᠤ᠂ ᠭᠠᠳᠠᠭᠠᠳᠤ ᠳ᠋ᠤ᠌ ᠥᠪᠡᠷ ᠦ᠋ᠨ ᠤᠯᠤᠰ ᠲᠠᠭᠠᠨ ᠶᠠᠪᠤᠭᠤᠯᠵᠤ ᠪᠠᠢᠭ᠎ᠠ ᠳᠠᠷᠤᠩᠭᠤᠢᠯᠠᠯ ᠤ᠋ᠨ ᠲᠣᠭᠲᠠᠯᠴᠠᠭ᠎ᠠ ᠬᠢᠨᠠᠯᠲᠠ ᠶ᠋ᠢᠨ ᠵᠠᠭᠪᠤᠷ ᠢ᠋ᠶ᠋ᠠᠨ ᠡᠷᠴᠢᠮᠲᠡᠢ ᠲᠦᠭᠡᠭᠡᠵᠦ ᠭᠠᠵᠠᠷ ᠪᠦᠬᠦᠨ ᠳ᠋ᠦ᠍ ᠭᠠᠮᠰᠢᠭ ᠲᠠᠷᠢᠵᠤ ᠪᠠᠢᠬᠤ ᠳ᠋ᠤ᠌᠂ ᠳᠡᠯᠡᠬᠡᠢ ᠨᠡᠢᠲᠡ ᠬᠡᠳᠦᠨ ᠠᠷᠪᠠᠨ ᠵᠢᠯ ᠬᠢᠲᠠᠳ ᠤ᠋ᠨ ᠡᠳ᠋  ᠤ᠋ᠨ ᠵᠠᠰᠠᠭ ᠲᠤ᠌ ᠬᠠᠮᠠᠷ ᠠ᠋ᠴᠠ ᠪᠠᠨ ᠳᠥᠷᠦᠯᠡᠭᠦᠯᠵᠦ᠂ ᠡᠨᠡ ᠪᠦᠬᠦᠨ ᠢ᠋ ᠠᠩᠬᠠᠷᠤᠯ ᠳ᠋ᠠᠭᠠᠨ ᠠᠪᠴᠤ ᠠᠷᠭ᠎ᠠ ᠬᠡᠮᠵᠢᠶ᠎ᠡ ᠠᠪᠤᠭᠰᠠᠨ ᠢ᠋ᠶ᠋ᠠᠷ ᠰᠤᠯᠠ᠂ ᠠᠰᠢᠭ ᠲᠠᠢ ᠴᠠᠭ ᠲᠣᠬᠢᠶᠠᠯ ᠢ᠋ ᠠᠯᠳᠠᠭᠰᠠᠨ ᠲᠠᠯ᠎ᠠ ᠲᠠᠢ ᠪᠣᠯᠪᠠᠴᠤ᠂ ᠣᠢᠷ᠎ᠠ ᠶ᠋ᠢᠨ ᠬᠡᠳᠦᠨ ᠵᠢᠯ᠂ ᠳᠡᠯᠡᠬᠡᠢ ᠪᠠ ᠬᠢᠲᠠᠳ ᠤ᠋ᠨ ᠵᠥᠪ ᠪᠤᠷᠤᠭᠤ ᠶ᠋ᠢᠨ ᠲᠡᠮᠡᠴᠡᠯ ᠦᠬᠦᠭᠰᠡᠨ ᠨᠠᠭᠤᠷ ᠰᠢᠭ᠋ < ᠲᠤᠨᠤᠮᠠᠯ ᠨᠠᠭᠤᠷ ᠰᠢᠭ᠋ > ᠪᠠᠢᠭᠰᠠᠨ ᠠ᠋ᠴᠠ ᠪᠠᠨ ᠳᠠᠯᠠᠢ ᠶ᠋ᠢᠨ ᠳᠠᠪᠠᠯᠭᠠᠨ ᠰᠢᠭ᠋ ᠬᠦᠴᠦᠲᠡᠢ ᠪᠣᠯᠵᠤ ᠬᠤᠪᠢᠷᠠᠨ᠂ ᠮᠠᠨ ᠤ᠋ ᠪᠥᠮᠪᠦᠷᠴᠡᠭ ᠲᠦ᠍ ᠴᠣ᠋ ᠰᠢᠨ᠎ᠡ ᠴᠠᠭ ᠦᠶ᠎ᠡ ᠬᠦᠷᠴᠦ ᠢᠷᠡᠬᠦ ᠡᠷᠡᠮᠡᠯᠵᠡᠯᠡᠯ ᠦ᠋ᠨ ᠭᠡᠭᠡ ᠬᠠᠷᠠᠭᠳᠠᠵᠤ ᠡᠬᠢᠯᠡᠭᠰᠡᠨ ᠪᠠᠢᠨ᠎ᠠ᠃

ᠳᠡᠯᠡᠬᠡᠢ ᠶ᠋ᠢᠨ ᠲᠢᠭᠯᠢᠮ  ᠤ᠋ᠨ ᠳᠦᠷᠢᠮ ᠭᠣᠷᠢᠮ ᠢ᠋ ᠥᠭᠡᠷᠡᠴᠢᠯᠡᠬᠦ ᠪᠡᠷ ᠣᠷᠤᠯᠳᠤᠭᠰᠠᠨ ᠬᠢᠲᠠᠳ ᠤ᠋ᠨ ᠠᠯᠢ ᠣᠯᠠᠨ ᠪᠣᠳᠤᠯᠭ᠎ᠠ ᠬᠥᠳᠡᠯᠪᠦᠷᠢ᠂ ᠦᠢᠯᠡ ᠠᠵᠢᠯᠯᠠᠭ᠎ᠠ ᠠ᠋ᠴᠠ ᠪᠣᠯᠵᠤ ᠠᠮᠧᠷᠢᠺᠠ ᠶ᠋ᠢᠨ ᠬᠣᠶᠠᠷ ᠨᠠᠮ ᠬᠢᠲᠠᠳ ᠤ᠋ᠨ ᠡᠰᠡᠷᠭᠦ ᠪᠣᠳᠤᠯᠭ᠎ᠠ ᠳᠡᠭᠡᠷ᠎ᠡ ᠳᠡᠭᠡᠳᠦ ᠬᠡᠮᠵᠢᠶ᠎ᠡ ᠪᠡᠷ ᠨᠢᠭᠡᠳᠴᠦ᠂ ᠴᠢᠩᠭ᠎ᠠ ᠬᠠᠲᠠᠭᠤ ᠪᠣᠳᠤᠯᠭ᠎ᠠ ᠠᠪᠴᠤ ᠡᠬᠢᠯᠡᠭᠰᠡᠨ ᠪᠥᠭᠡᠳ᠂ ᠠᠮᠧᠷᠢᠺᠠ ᠶ᠋ᠢᠨ ᠵᠠᠰᠠᠭ ᠤ᠋ᠨ ᠡᠨᠡ ᠬᠠᠨᠳᠤᠰᠢ ᠡᠷᠭᠢᠰᠢ ᠦᠭᠡᠢ ᠪᠣᠯᠤᠭᠰᠠᠨ ᠨᠢ ᠲᠣᠳᠤᠷᠬᠠᠢ᠃

ᠣᠷᠤᠰ ᠤ᠋ᠨ ᠲᠤᠰᠠᠭᠠᠷ ᠲᠣᠭᠲᠠᠨᠢᠭᠰᠠᠨ ᠪᠦᠷᠢᠨ ᠡᠷᠬᠡᠲᠦ ᠦᠺᠷᠠᠢᠨ ᠤᠯᠤᠰ ᠤ᠋ᠨ ᠡᠰᠡᠷᠭᠦ ᠬᠢᠭᠰᠡᠨ ᠲᠦᠷᠢᠮᠡᠭᠡᠢ ᠲᠠᠢᠨ ᠨᠢ᠂ ᠠᠮᠧᠷᠢᠺᠠ ᠪᠠ ᠧᠦ᠋ᠷᠤᠫᠠ ᠶ᠋ᠢᠨ ᠬᠠᠷᠢᠴᠠᠭ᠎ᠠ ᠶ᠋ᠢ ᠮᠠᠰᠢ ᠥᠨᠳᠦᠷ ᠲᠦᠪᠰᠢᠨ ᠳ᠋ᠦ᠍ ᠬᠦᠷᠲᠡᠯ᠎ᠡ ᠨᠢᠭᠲᠠᠷᠠᠭᠤᠯᠵᠤ᠂ ᠲᠠᠢᠸᠠᠨ᠂ ᠡᠮᠦᠨ᠎ᠡ ᠳᠠᠯᠠᠢ ᠵᠡᠭᠦᠨ ᠳᠠᠯᠠᠢ ᠳᠡᠭᠡᠷᠡᠬᠢ ᠲᠦᠷᠳᠡᠭᠦᠯᠥᠯ ᠨᠢ᠂ ᠠᠮᠧᠷᠢᠺᠠ ᠶ᠋ᠢᠨ ᠠᠽᠢᠶ᠎ᠠ ᠨᠣᠮᠤᠬᠠᠨ ᠳᠠᠯᠠᠢ ᠶ᠋ᠢᠨ ᠬᠣᠯᠪᠤᠭᠳᠠᠭᠰᠠᠨ ᠤᠯᠤᠰ ᠯᠤᠭ᠎ᠠ ᠶ᠋ᠢᠨ ᠬᠠᠷᠢᠴᠠᠭ᠎ᠠ ᠪᠠ ᠲᠤᠰ ᠪᠦᠰᠡ ᠨᠤᠲᠤᠭ ᠳᠣᠲᠤᠷᠠᠬᠢ ᠤᠯᠤᠰ ᠤᠯᠤᠰ ᠤ᠋ᠨ ᠬᠣᠭᠤᠷᠤᠨᠳᠤᠬᠢ ᠬᠠᠷᠢᠴᠠᠭ᠎ᠠ ᠶ᠋ᠢ ᠣᠭᠵᠤᠮ ᠰᠠᠢᠵᠢᠷᠠᠭᠤᠯᠵᠤ᠂ ᠳᠡᠯᠡᠬᠡᠢ ᠶ᠋ᠢᠨ ᠠᠷᠠᠳᠴᠢᠯᠠᠭᠰᠠᠨ ᠡᠷᠬᠡ ᠴᠢᠯᠦᠭᠡᠲᠦ ᠤᠯᠤᠰ ᠤ᠋ᠳ ᠬᠢᠲᠠᠳ ᠤ᠋ᠨ ᠡᠰᠡᠷᠭᠦ ᠮᠠᠰᠢ ᠪᠣᠭᠤᠨᠢ ᠬᠤᠭᠤᠴᠠᠭᠠᠨ ᠳ᠋ᠤ᠌ ᠨᠢᠭᠡᠳᠴᠦ ᠴᠢᠳᠠᠵᠠᠢ᠃

5. ᠪᠦᠬᠦ ᠳᠡᠯᠡᠬᠡᠢ ᠶ᠋ᠢᠨ ᠠᠷᠠᠳ ᠲᠦᠮᠡᠨ ᠦ᠌ ᠡᠪ ᠨᠢᠭᠡᠳᠦᠯ ᠲᠡᠢ ᠲᠡᠮᠡᠴᠡᠯ ᠢ᠋ᠶ᠋ᠡᠷ ᠳᠠᠮᠵᠢᠨ᠂ ᠮᠠᠨ ᠤ᠋ ᠭᠠᠷᠠᠭ ᠲᠤ᠌ ᠳᠠᠷᠤᠩᠭᠤᠢᠯᠠᠭᠴᠢ ᠦᠭᠡᠢ᠂ ᠺᠣᠮᠮᠤᠨᠢᠰᠲ ᠦᠭᠡᠢ᠂ ᠦᠨᠳᠦᠰᠦᠲᠡᠨ ᠪᠦᠬᠦᠨ ᠥᠪᠡᠷ ᠦ᠋ᠨ ᠢ᠋ᠶ᠋ᠡᠨ ᠬᠤᠪᠢ ᠵᠠᠶᠠᠭ᠎ᠠ ᠶ᠋ᠢ ᠥᠪᠡᠷᠲᠡᠭᠡᠨ ᠰᠢᠢᠳᠦᠭᠰᠡᠨ ᠰᠢᠨ᠎ᠡ ᠴᠠᠭ ᠦᠶ᠎ᠡ ᠬᠦᠷᠴᠦ ᠢᠷᠡᠬᠦ ᠨᠢ ᠴᠠᠭ ᠬᠤᠭᠤᠴᠠᠭᠠᠨ ᠤ᠋ ᠠᠰᠠᠭᠤᠳᠠᠯ᠃ ᠭᠡᠬᠦ ᠳ᠋ᠡᠭᠡᠨ ᠡᠨᠡ ᠴᠠᠭ ᠬᠤᠭᠤᠴᠠᠭᠠᠨ ᠤ᠋ ᠬᠣᠯᠠ ᠣᠢᠷ᠎ᠠ ᠨᠢ ᠥᠪᠦᠷ ᠮᠣᠩᠭᠤᠯ ᠮᠡᠲᠦ ᠶ᠋ᠢᠨ ᠦᠨᠳᠦᠰᠦᠲᠡᠨ ᠦ᠌ ᠴᠥᠭᠡᠩᠭᠢ ᠳ᠋ᠦ᠍ ᠠᠪᠴᠤ ᠬᠡᠯᠡᠪᠡᠯ᠂ ᠮᠥᠬᠦᠵᠦ ᠮᠠᠨᠳᠤᠬᠤ ᠲᠠᠢ ᠬᠣᠯᠪᠤᠭᠳᠠᠬᠤ ᠬᠣᠶᠠᠷ ᠠᠳᠠᠯᠢ ᠪᠤᠰᠤ ᠦᠷ᠎ᠡ ᠳᠦᠩ ᠢ᠋ ᠠᠪᠴᠢᠷᠠᠬᠤ ᠪᠣᠯᠤᠨ᠎ᠠ᠃ ᠰᠢᠨ᠎ᠡ ᠴᠠᠭ ᠬᠦᠷᠴᠦ ᠢᠷᠡᠬᠦ ᠨᠢ ᠣᠢᠷᠠᠬᠠᠨ ᠪᠠᠢᠪᠠᠯ᠂ ᠦᠷ᠎ᠡ ᠬᠡᠦᠬᠡᠳ ᠦ᠋ᠨ ᠬᠡᠯᠡ ᠨᠢ ᠪᠦᠷᠢᠨ ᠬᠢᠲᠠᠳᠵᠢᠵᠤ ᠲᠠᠷᠢᠬᠢ ᠨᠢ ᠪᠦᠷᠢᠨ ᠣᠬᠢᠶᠠᠭᠳᠠᠵᠤ᠂ ᠰᠡᠳᠭᠢᠬᠦᠢ ᠨᠢ ᠪᠦᠷᠢᠨ ᠭᠠᠵᠢᠭᠷᠠᠬᠤ ᠠ᠋ᠴᠠ ᠡᠮᠦᠨ᠎ᠡ᠂ ᠶᠡᠬᠡ ᠬᠤᠪᠢᠷᠠᠯᠲᠠ ᠲᠠᠢ ᠵᠣᠯᠭᠠᠵᠤ᠂ ᠦᠨᠳᠦᠰᠦᠲᠡᠨ ᠦ᠌ ᠣᠨᠴᠠᠯᠢᠭ ᠰᠢᠨᠵᠢ᠂ ᠰᠣᠶᠤᠯ ᠢᠷᠭᠡᠨᠰᠢᠯ᠂ ᠦᠵᠡᠯ ᠤᠬᠠᠮᠰᠠᠷ ᠨᠢ ᠠᠷᠢᠯᠬᠤ ᠠ᠋ᠴᠠ ᠡᠮᠦᠨ᠎ᠡ᠂ ᠵᠢᠩᠬᠢᠨᠢ ᠮᠣᠩᠭᠤᠯ ᠬᠥᠮᠦᠨ ᠦ᠌ ᠲᠤᠰᠠᠭᠠᠷ ᠲᠣᠭᠲᠠᠨᠢᠯ ᠢ᠋ ᠠᠪᠴᠢᠷᠠᠵᠤ ᠴᠢᠳᠠᠬᠤ ᠪᠣᠯᠤᠨ᠎ᠠ᠃ ᠬᠡᠷᠪᠡ ᠲᠡᠷᠡ ᠴᠠᠭ ᠦᠶ᠎ᠡ ᠬᠦᠷᠴᠦ ᠢᠷᠡᠬᠦ ᠳᠡᠩᠳᠡᠭᠦᠦ ᠬᠤᠯᠠ ᠪᠠᠢᠪᠠᠯ᠂ ᠦᠨᠳᠦᠰᠦᠲᠡᠨ ᠦ᠌ ᠴᠥᠭᠡᠩᠬᠢ ᠨᠦ᠍ᠭᠦᠳ ᠥᠪᠡᠷ ᠦ᠋ᠨ ᠦᠨᠳᠦᠰᠦᠲᠡᠨ ᠦ᠌ ᠣᠨᠴᠠᠯᠢᠭ ᠰᠢᠨᠵᠢ ᠢ᠋ᠶ᠋ᠠᠨ ᠠᠯᠳᠠᠵᠤ᠂ ᠨᠡᠷ᠎ᠡ ᠨᠢ ᠦᠨᠳᠦᠰᠦᠲᠡᠨ ᠦ᠌ ᠴᠥᠭᠡᠩᠬᠢ ᠨᠢᠳᠡᠷ ᠨᠢ ᠬᠢᠲᠠᠳ ᠬᠥᠮᠦᠰ ᠪᠣᠯᠴᠢᠬᠠᠭᠰᠠᠨ ᠪᠠᠢᠪᠠᠯ᠂ ᠡᠷᠬᠡ ᠴᠢᠯᠦᠭᠡ ᠲᠤᠰᠠᠭᠠᠷ ᠲᠣᠭᠲᠠᠨᠢᠯ ᠤ᠋ᠨ ᠦᠨ᠎ᠡ ᠴᠠᠨ᠎ᠠ ᠎ᠡᠤᠳᠭ᠎ᠠ ᠪᠠᠨ ᠠᠯᠳᠠᠬᠤ ᠪᠣᠯᠤᠨ᠎ᠠ᠃

ᠡᠢᠮᠦ ᠶ᠋ᠢᠨ ᠲᠤᠯᠠ ᠪᠢᠳᠡ ᠪᠦᠬᠦᠨ ᠡᠨᠡ ᠬᠦ᠌ ᠪᠣᠳᠠᠲᠤ ᠪᠠᠢᠳᠠᠯ ᠢ᠋ ᠳᠡᠯᠡᠬᠡᠢ ᠨᠡᠢᠲᠡ ᠳ᠋ᠦ᠍ ᠵᠥᠪ ᠢ᠋ᠶ᠋ᠡᠷ ᠣᠢᠯᠠᠭᠤᠯᠵᠤ᠂ ᠬᠢᠲᠠᠳ ᠤ᠋ᠨ ᠲᠠᠯ᠎ᠠ ᠬᠠᠭᠠᠰ ᠠ᠋ᠴᠠ ᠢᠯᠡᠭᠦᠦ ᠨᠤᠲᠤᠭ ᠳᠡᠪᠢᠰᠭᠡᠷ ᠢ᠋ ᠡᠵᠡᠯᠡᠵᠦ ᠠᠮᠢᠳᠤᠷᠠᠳᠠᠭ ᠦᠨᠳᠦᠰᠦᠲᠡᠨ ᠦ᠌ ᠴᠥᠭᠡᠩᠬᠢ | ᠣᠯᠠᠨ ᠰᠠᠢᠬᠠᠨ ᠦᠨᠳᠦᠰᠦᠲᠡᠨ ᠨᠦ᠍ᠭᠦᠳ ᠰᠣᠶᠤᠯ ᠪᠢᠴᠢᠭ ᠳᠠᠢ ᠪᠠᠨ ᠮᠥᠬᠦᠬᠦ ᠭᠡᠵᠦ ᠪᠠᠢᠭ᠎ᠠ ᠶ᠋ᠢ ᠣᠢᠯᠠᠭᠠᠬᠤ ᠬᠡᠷᠡᠭᠲᠡᠢ᠃

ᠨᠢᠭᠡ ᠦᠨᠳᠦᠰᠦᠲᠡᠨ ᠦ᠌ ᠡᠷᠬᠡ ᠴᠢᠯᠦᠭᠡ᠂ ᠲᠤᠰᠠᠭᠠᠷ ᠲᠣᠭᠲᠠᠨᠢᠯ ᠤ᠋ᠨ ᠵᠠᠮᠨᠠᠯ ᠨᠢ ᠡᠴᠦᠰ ᠦ᠋ᠨ ᠡᠴᠦᠰ ᠲᠦ᠍ ᠠᠷᠠᠳ ᠢᠷᠭᠡᠳ ᠦ᠋ᠨ ᠬᠢᠨᠢ ᠦᠵᠡᠯ ᠤᠬᠠᠮᠰᠠᠷ ᠤ᠋ᠨ ᠬᠢᠷᠢ ᠲᠦᠪᠰᠢᠨ ᠡᠴᠡ ᠰᠢᠯᠲᠠᠭᠠᠯᠠᠨ᠎ᠠ᠃ ᠡᠢᠮᠦ ᠶ᠋ᠢᠨ ᠲᠤᠯᠠ ᠬᠢᠲᠠᠳ ᠤ᠋ᠨ ᠬᠢᠯᠢ ᠳᠣᠲᠤᠷ᠎ᠠ ᠪᠠᠢᠭ᠎ᠠ ᠠᠷᠠᠳ ᠲᠦᠮᠡᠨ ᠳ᠋ᠦ᠍ ᠵᠥᠪ ᠦᠨᠡᠨ ᠮᠡᠳᠡᠭᠡᠯᠡᠯ ᠬᠠᠩᠭᠠᠬᠤ ᠶᠠᠭᠤ ᠶᠠᠭᠤᠨ ᠠ᠋ᠴᠠ ᠴᠢᠬᠤᠯᠠ᠃

ᠬᠢᠲᠠᠳ ᠤ᠋ᠨ ᠲᠥᠷᠦ ᠵᠠᠳᠠᠷᠠᠬᠤ ᠠ᠋ᠴᠠ ᠡᠮᠦᠨ᠎ᠡ ᠂ ᠮᠡᠳᠡᠭᠡᠯᠡᠯ ᠦ᠋ᠨ ᠬᠠᠭᠠᠯᠲᠠ ᠠ᠋ᠴᠠ ᠪᠣᠯᠵᠤ᠂ ᠣᠯᠠᠨ ᠲᠣᠭᠠᠨ ᠤ᠋ ᠠᠷᠠᠳ ᠢᠷᠭᠡᠳ ᠬᠢᠲᠠᠳ ᠤ᠋ᠨ ᠳᠣᠲᠤᠭᠠᠳᠤ ᠤᠬᠠᠭᠤᠯᠭ᠎ᠠ ᠶ᠋ᠢᠨ ᠬᠤᠳᠠᠯ ᠮᠡᠳᠡᠭᠡᠯᠡᠯ ᠳ᠋ᠦ᠍ ᠠᠪᠲᠠᠵᠤ᠂ ᠬᠢᠲᠠᠳ ᠤᠯᠤᠰ ᠦᠨᠡᠨᠬᠦ ᠬᠥᠭᠵᠢᠵᠦ ᠬᠦᠴᠦᠷᠬᠡᠭᠵᠢᠭᠰᠡᠨ᠂ ᠬᠢᠲᠠᠳ ᠤ᠋ᠨ ᠣᠨᠴᠠᠯᠢᠭᠲᠤ ᠬᠥᠭᠵᠢᠯ ᠢ᠋ ᠳᠡᠯᠡᠬᠡᠢ ᠨᠡᠢᠲᠡ ᠬᠦᠯᠢᠶᠡᠨ ᠵᠥᠪᠰᠢᠶᠡᠷᠡᠵᠦ ᠪᠠᠢᠭ᠎ᠠ ᠂ ᠲᠡᠢᠮᠦ ᠮᠥᠷᠲᠡᠭᠡᠨ ᠬᠢᠲᠠᠳ ᠨᠢ ᠳᠡᠯᠡᠬᠡᠢ ᠶ᠋ᠢᠨ ᠬᠥᠭᠵᠢᠯ ᠳ᠋ᠦ᠍ ᠵᠠᠮ ᠵᠢᠭᠠᠵᠤ ᠥᠭᠴᠦ ᠪᠠᠢᠭ᠎ᠠ ᠬᠡᠮᠡᠨ ᠡᠨᠳᠡᠭᠦᠦ ᠣᠢᠯᠭᠠᠭᠠᠳ᠂ ᠥᠪᠡᠷ ᠦ᠋ᠨ ᠦᠨᠳᠦᠰᠦᠲᠡᠨ ᠢ᠋ᠶ᠋ᠡᠨ ᠵᠢᠵᠢᠭ᠌᠂ ᠪᠠᠭᠤᠷᠠᠢ᠂ ᠬᠣᠴᠤᠷᠤᠩᠭᠤᠢ ᠬᠡᠮᠡᠨ ᠦᠨᠡᠯᠡᠵᠦ᠂ ᠦᠨᠳᠦᠰᠦᠲᠡᠨ ᠦ᠌ ᠪᠠᠬᠠᠷᠬᠠᠯ ᠢ᠋ᠶ᠋ᠠᠨ ᠠᠯᠳᠠᠬᠤ᠂ ᠦᠨᠳᠦᠰᠦᠲᠡᠨ ᠦ᠌ ᠡᠷᠬᠢᠮ ᠨᠠᠨᠳᠢᠨ ᠥᠪᠡᠷᠮᠢᠴᠡ ᠵᠦᠢᠯ ᠢ᠋ᠶ᠋ᠡᠨ ᠭᠣᠯᠤᠬᠤ ᠮᠡᠲᠦ ᠶ᠋ᠢᠨ ᠪᠠᠢᠳᠠᠯ ᠭᠠᠷᠴᠤ᠂ ᠢᠷᠡᠭᠡᠳᠦᠢ ᠳ᠋ᠡᠭᠡᠨ ᠢᠲᠡᠭᠡᠯ ᠠᠯᠳᠠᠷᠠᠵᠤ᠂ ᠬᠢᠲᠠᠳ ᠢ᠋ ᠰᠢᠳᠦᠨ ᠪᠢᠰᠢᠷᠡᠵᠦ᠂ ᠬᠤᠪᠢ ᠵᠠᠶᠠᠭ᠎ᠠ ᠲᠠᠢ ᠪᠠᠨ ᠡᠪᠯᠡᠷᠡᠨ᠂ ᠲᠡᠮᠡᠴᠡᠯ ᠦ᠋ᠨ ᠵᠣᠷᠢᠭ ᠨᠢ ᠮᠣᠬᠤᠵᠤ ᠮᠡᠳᠡᠨ᠎ᠡ᠃

ᠨᠢᠭᠡ ᠬᠥᠮᠦᠨ᠂ ᠨᠢᠭᠡ ᠦᠨᠳᠦᠰᠦᠲᠡᠨ᠂ ᠢᠲᠡᠭᠡᠯ ᠪᠠ ᠮᠥᠷᠦᠭᠡᠳᠦᠯ ᠬᠣᠶᠠᠷ ᠨᠢ ᠪᠠᠢᠭᠰᠠᠨ ᠴᠠᠭ ᠲᠤ᠌ ᠬᠡᠵᠢᠶ᠎ᠡ ᠴᠦ᠍ ᠭᠠᠢᠬᠠᠮᠰᠢᠭ ᠪᠦᠲᠦᠭᠡᠵᠦ ᠮᠡᠳᠡᠨ᠎ᠡ᠂ ᠶᠠᠭ ᠡᠰᠡᠷᠭᠦ ᠪᠡᠷ ᠢᠲᠡᠭᠡᠯ ᠮᠥᠷᠦᠭᠡᠳᠦᠯ ᠬᠣᠶᠠᠷ ᠢ᠋ᠶ᠋ᠠᠨ ᠠᠯᠳᠠᠭᠰᠠᠨ ᠪᠠᠢᠪᠠᠯ ᠮᠥᠬᠦᠯ ᠰᠦᠢᠷᠡᠯ ᠵᠦᠭ ᠭᠣᠯᠰᠣᠨ ᠣᠷᠤᠨ᠎ᠠ᠂ ᠶᠠᠭ ᠡᠢᠮᠦ ᠡᠴᠡ ᠲᠡᠮᠡᠴᠡᠯ ᠦ᠋ᠨ ᠬᠥᠳᠡᠯᠭᠡᠭᠦᠷ ᠪᠣᠯᠤᠭᠰᠠᠨ ᠢᠲᠡᠭᠡᠯ ᠪᠠ ᠮᠥᠷᠦᠭᠡᠳᠦᠯ ᠢ᠋ ᠨᠢ ᠤᠨᠲᠠᠷᠠᠭᠠᠬᠤ ᠦᠭᠡᠢ ᠶ᠋ᠢᠨ ᠲᠤᠯᠠᠳᠠ᠂ ᠳᠡᠯᠡᠬᠡᠢ ᠶ᠋ᠢᠨ ᠦᠨᠡᠨ ᠵᠥᠪ ᠮᠡᠳᠡᠭᠡᠯᠡᠯ ᠢ᠋ᠶ᠋ᠡᠷ ᠠᠮᠢᠯᠠᠭᠤᠯᠤᠨ ᠴᠣᠭᠰᠢᠭᠤᠯᠵᠤ ᠪᠠᠢᠬᠤ ᠬᠡᠷᠡᠭᠲᠡᠢ᠃

ᠪᠠᠭᠴᠠᠯᠠᠪᠠᠯ᠄ ᠬᠡᠷᠬᠢᠨ ᠬᠢᠲᠠᠳ ᠤ᠋ᠨ ᠢᠨᠲ᠋ᠧᠷᠨᠧᠲ ᠦ᠋ᠨ ᠴᠠᠭᠠᠨ ᠬᠡᠷᠡᠮ ᠢ᠋ ᠲᠠᠪᠠᠨ᠂ ᠠᠷᠠᠳ ᠢᠷᠭᠡᠳ ᠲᠦ᠍ ᠦᠨᠡᠨ ᠵᠥᠪ ᠮᠡᠳᠡᠭᠡᠯᠡᠯ ᠢ᠋ ᠪᠠᠢᠩᠭᠤ ᠬᠦᠷᠭᠡᠨ᠎ᠡ ᠭᠡᠳᠡᠭ ᠢ᠋ ᠮᠠᠨᠤᠰ ᠲᠤ᠌ ᠠᠪᠴᠤ ᠬᠡᠯᠡᠪᠡᠯ ᠲᠤᠢᠯ ᠤ᠋ᠨ ᠴᠢᠬᠤᠯᠠ ᠰᠣᠷᠢᠯᠲᠠ ᠪᠣᠯᠵᠤ ᠪᠠᠢᠭ᠎ᠠ᠃

mail@mongol.world